11 ᠰᠠᠷ᠎ᠠ ᠶᠢᠨ 14 ᠤ ᠡᠳᠦᠷ
  
2020-11-14 10:06:06
 ᠄
 
᠄
 
᠄
 
  

ᠡᠷᠭᠢᠮ ᠭᠦᠨᠳᠦᠳᠦ ᠰᠤᠨᠤᠰᠤᠭᠴᠢᠳ ᠮᠢᠨᠢ᠂ ᠰᠠᠢᠢᠨ ᠪᠠᠢᠢᠨᠠᠦ︖ᠦᠨᠦᠳᠦᠷ ᠪᠤᠯ 2020 ᠤᠨ ᠪ 11 ᠰᠠᠷ᠎ᠠ ᠵᠢᠨ 14 ᠤ ᠡᠳᠦᠷ᠂ ᠪᠢᠯᠢᠭ ᠤᠨ ᠤᠯᠠᠷᠢᠯ ᠤᠨ ᠴᠠᠭᠠᠨ ᠬᠤᠯᠤᠭᠠᠨ᠎ᠠ ᠵᠢᠯ ᠤᠨ 9 ᠰᠠᠷ᠎ᠠ ᠵᠢᠨ 29᠂ ᠭᠠᠷᠠᠭ ᠤᠨ ᠵᠢᠷᠭᠤᠭᠠᠨ᠃ ᠦᠪᠦᠷ ᠮᠤᠨᠭᠭᠤᠯ ᠤᠨ ᠡᠳᠦᠷ ᠤᠨ ᠰᠤᠨᠢᠨ ᠪ ᠬᠤᠷᠢᠶ᠎ᠠ ᠵᠢᠨ ᠬᠠᠮ ᠵᠠᠭᠤᠴᠢᠯᠠᠭᠤᠷ ᠤᠨ︽ᠬᠦᠯᠦᠭ ᠨᠡᠪᠲᠡᠷᠡᠭᠦᠯᠭᠡ︾ᠲᠠ ᠪᠦᠬᠦᠨ ᠲᠠᠢ ᠪᠡᠨ ᠮᠡᠨᠳᠦᠴᠢᠯᠡᠨ ᠵᠤᠯᠭᠠᠵᠤ ᠪᠠᠢᠢᠨ᠎ᠠ᠃

ᠨᠡᠢᠢᠭᠡᠮ

• ᠮᠤᠩᠭᠤᠯ ᠤᠯᠤᠰ ᠡᠴᠡ ᠬᠠᠨᠳᠢᠪᠯᠠᠭᠰᠠᠨ 3 ᠲᠦᠮᠡᠨ ᠬᠤᠨᠢᠨ ᠤ ᠡᠬᠢᠨ ᠤ 12000 ᠬᠤᠨᠢᠨ ᠤ ᠮᠢᠬ᠎ᠠ ᠶᠢ 11 ᠰᠠᠷ᠎ᠠ ᠵᠢᠨ12 ᠤᠨ ᠡᠳᠦᠷ  ᠡᠷᠢᠶᠡᠨ ᠬᠣᠲᠠ ᠡᠴᠡ ᠬᠤᠪᠸ᠋ᠢ ᠮᠤᠵᠢ ᠵᠢᠨ ᠦᠬᠠᠨ ᠬᠤᠲᠠ ᠤᠷᠤᠭᠤ ᠵᠦᠭᠡᠭᠡᠪᠦᠷᠢᠯᠡᠪᠡ᠃• 11 ᠰᠠᠷ᠎ᠠ ᠵᠢᠨ 12 ᠤᠨ ᠡᠳᠦᠷ᠂ ᠠᠷᠪᠠᠨ ᠳᠤᠯᠤᠳᠤᠭᠠᠷ ᠬᠤᠭᠤᠴᠠᠭᠠᠨ ᠤ ᠥᠪᠥᠷ ᠮᠤᠩᠭᠤᠯ ᠤᠨ ᠬᠤᠪᠴᠠᠰᠤ ᠵᠠᠰᠠᠯ ᠤᠨ ᠤᠷᠠᠯᠢᠭ ᠤᠨ ᠨᠠᠢᠢᠷ ᠤᠨ ᠬᠤᠭᠤᠴᠠᠭᠠᠨ ᠳ᠋ᠤ᠌ ᠪᠠᠰᠠ ᠰᠦᠯᠵᠢᠶᠡᠨ ᠰᠢᠭᠤᠳ ᠨᠡᠪᠲᠡᠷᠡᠭᠦᠯᠭᠡ ᠪᠡᠷ ᠪᠠᠷᠠᠭ᠎ᠠ ᠬᠤᠳᠠᠯᠳᠤᠬᠤ ᠪᠠ ᠰᠦᠯᠵᠢᠶᠡᠨ ᠳᠡᠭᠡᠷ᠎ᠡ ᠬᠤᠳᠠᠯᠳᠤᠭ᠎ᠠ ᠳᠡᠯᠭᠡᠭᠦᠷ ᠡᠷᠬᠢᠯᠡᠬᠦ ᠠᠵᠢᠯᠯᠠᠭ᠎ᠠ ᠶᠢ ᠡᠷᠬᠢᠯᠡᠨ ᠶᠠᠪᠤᠭᠳᠠᠭᠤᠯᠵᠤ᠂ ᠤᠳᠤᠬᠠᠨ ᠤ ᠬᠠᠯᠠᠮᠰᠢᠯ ᠪᠤᠯᠵᠤ ᠪᠤᠢ ᠪᠣᠷᠣᠯᠠᠭᠤᠯᠭ᠎ᠠ ᠵᠢᠨ ᠠᠷᠭ᠎ᠠ ᠮᠠᠶ᠋ᠢᠭ ᠲᠠᠢ ᠤᠶᠠᠯᠳᠤᠭᠤᠯᠤᠨ᠂ ᠴᠤᠤᠷᠢᠶ᠎ᠠ ᠪᠡᠷ ᠰᠢᠭᠤᠳ ᠨᠡᠪᠲᠡᠷᠡᠭᠦᠯᠭᠡ ᠬᠢᠵᠤ᠂ ᠠᠬᠤᠢ ᠲᠠᠯᠠᠪᠠᠢ ᠳᠤ  ᠪᠠᠷᠠᠭ᠎ᠠ ᠪᠡᠨ ᠪᠤᠷᠤᠯᠠᠭᠤᠯᠪᠠ᠃• 11 ᠰᠠᠷ᠎ᠠ ᠵᠢᠨ 12 ᠤᠨ ᠡᠳᠦᠷ᠂ ᠵᠡᠭᠦᠨ ᠦᠵᠦᠮᠦᠴᠢᠨ ᠬᠤᠰᠢᠭᠤᠨ ᠤ ᠤᠯᠠᠭᠠᠨᠮᠦᠢᠴᠢᠷ ᠤᠨ ᠳᠠᠭᠤᠴᠢᠨ᠂ ᠮᠣᠩᠭᠣᠯ ᠠᠷᠠᠳ ᠤᠨ ᠤᠷᠲᠤ ᠵᠢᠨ ᠳᠠᠭᠤᠴᠢᠨ᠂ ᠪᠦᠬᠦ ᠤᠯᠤᠰ ᠤᠨ ᠠᠷᠠᠳ ᠤᠨ ᠳᠠᠭᠤᠤ ᠵᠢᠨ    ︽ᠠᠯᠲᠠᠨ ᠵᠤᠯᠠ︾ᠱᠠᠩᠨᠠᠯ ᠢ ᠬᠦᠷᠲᠡᠭᠴᠢ ᠤᠳᠬᠤᠨᠲᠤᠶᠠᠭ᠎ᠠ ᠵᠡᠭᠦᠨ ᠦᠵᠦᠮᠦᠴᠢᠨ ᠬᠤᠰᠢᠭᠤᠨ ᠤ ᠨᠡᠢᠢᠭᠡᠮ ᠤᠨ ᠠᠰᠠᠷᠠᠮᠵᠢ ᠵᠢᠨ ᠬᠦᠷᠢᠶᠡᠯᠡᠩ ᠤᠨ ᠨᠠᠰᠤᠲᠠᠢᠢᠴᠤᠳ  ᠲᠤ ᠠᠮᠤ ᠪᠤᠳᠠᠭ᠎ᠠ᠂ ᠭᠤᠯᠢᠷ᠂ ᠲᠤᠰᠤ᠂ ᠰᠦᠨ ᠲᠠᠯᠬ᠎ᠠ ᠵᠡᠷᠭᠡ ᠬᠠᠢᠢᠷ᠎ᠠ ᠬᠠᠯᠠᠮᠵᠢ ᠵᠢᠨ ᠡᠳ᠋ ᠪᠤᠳᠠᠰ ᠬᠠᠨᠳᠢᠪᠯᠠᠪᠠ᠃

• 11 ᠰᠠᠷ᠎ᠠ ᠵᠢᠨ 12 ᠤᠨ ᠡᠳᠦᠷ᠂ ᠤᠷᠳᠤᠰ ᠬᠤᠲᠠ ᠵᠢᠨ  ᠬᠠᠩᠬᠢᠨ ᠬᠤᠰᠢᠭᠤᠨ ᠳᠤ ᠲᠡᠦᠬᠡᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠵᠢᠨ ᠨᠢᠭᠡᠴᠢ ᠪᠠ ᠲᠡᠦᠬᠡ ᠵᠢᠨ ᠳᠤᠷᠠᠰᠬᠠᠯᠲᠤ ᠵᠦᠢᠯᠡᠰ ᠤᠨ ᠤᠷᠤᠨ ᠲᠠᠯᠠᠪᠠᠢ ᠵᠢᠨ ᠭᠠᠯ ᠰᠡᠷᠭᠡᠢᠢᠯᠡᠬᠦ ᠠᠮᠤᠷ ᠲᠦᠪᠰᠢᠨ ᠤ ᠪᠣᠯᠪᠠᠰᠤᠷᠠᠯ ᠵᠢᠴᠢ ᠭᠠᠯ ᠰᠡᠷᠭᠡᠢᠢᠯᠡᠯᠲᠡ ᠵᠢᠨ ᠰᠤᠷᠢᠯᠲᠠ ᠵᠢᠨ ᠠᠵᠢᠯᠯᠠᠭ᠎ᠠ ᠦᠷᠨᠢᠭᠦᠯᠪᠡ᠃

• 11 ᠰᠠᠷ᠎ᠠ ᠵᠢᠨ 12 ᠤᠨ ᠡᠳᠦᠷ᠂ ᠠᠷᠤ ᠬᠤᠷᠴᠢᠨ ᠬᠤᠰᠢᠭᠤᠨ ᠤ ᠮᠤᠩᠭᠤᠯ ᠡᠮᠨᠡᠯᠭᠡ ᠵᠢᠨ ᠬᠤᠷᠢᠶᠠᠨ ᠤ ᠰᠢᠨ᠎ᠡ ᠡᠮᠨᠡᠯᠭᠡ ᠵᠢᠨ ᠬᠤᠷᠢᠶᠠᠨ ᠤ ᠪᠠᠷᠢᠯᠭ᠎ᠠ ᠪᠦᠬᠦ ᠲᠠᠯ᠎ᠠ ᠪᠡᠷ  ᠳᠠᠭᠤᠰᠴᠤ᠂ ᠲᠦᠯᠦᠪᠯᠡᠭᠡ ᠶᠤᠰᠤᠭᠠᠷ ᠰᠢᠨ᠎ᠡ ᠪᠠᠢᠢᠴᠠᠨ ᠳᠠᠭᠠᠨ ᠨᠡᠭᠦᠵᠤ ᠡᠮᠴᠢᠯᠡᠭᠡ ᠪᠡᠨ ᠡᠬᠢᠯᠡᠭᠦᠯᠪᠡ᠃• 11 ᠰᠠᠷ᠎ᠠ ᠵᠢᠨ 11 ᠤ ᠡᠳᠦᠷ᠂ ᠦᠪᠦᠷ ᠮᠤᠩᠭᠤᠯ ᠤᠨ ᠵᠠᠰᠠᠭ ᠤᠨ ᠶᠠᠪᠤᠳᠠᠯ ᠤᠨ ᠡᠭᠦᠯᠡᠨ ᠲᠤᠮᠤ ᠳᠡᠢᠢᠲ᠋ᠠ ᠵᠢᠨ ᠭᠠᠮᠰᠢᠭ ᠤᠨ ᠪᠡᠯᠡᠳᠭᠡᠯ ᠤᠨ ᠲᠦᠪ ᠤᠨ ᠠᠰᠢᠭᠯᠠᠯᠲᠠ ᠳᠤ ᠣᠷᠣᠵᠤ ᠡᠵᠡᠩᠨᠡᠯᠲᠡ ᠪᠡᠨ ᠡᠬᠢᠯᠡᠭᠦᠯᠬᠦ ᠶᠡᠬᠡ ᠬᠤᠷᠠᠯ ᠤᠯᠠᠭᠠᠨᠴᠠᠪ ᠬᠤᠲᠠ ᠵᠢᠨ ᠵᠢᠨᠢᠩ ᠲᠣᠭᠣᠷᠢᠭ ᠲᠤ᠌ ᠬᠤᠷᠠᠯᠳᠤᠵᠤ᠂  ᠤᠯᠤᠰ ᠤᠨ ᠳᠤᠲᠤᠭᠠᠳᠤ ᠳᠡᠬᠢ ᠬᠠᠮᠤᠭ ᠲᠤᠮᠤ ᠥᠪᠡᠷᠲᠡᠭᠡᠨ ᠡᠵᠡᠮᠳᠡᠬᠦ ᠲᠤᠮᠤ ᠳᠡᠢᠢᠲ᠋ᠠ ᠵᠢᠨ ᠭᠠᠮᠰᠢᠭ ᠤᠨ ᠪᠡᠯᠡᠳᠭᠡᠯ ᠤᠨ ᠲᠦᠪ ᠠᠰᠢᠭᠯᠠᠯᠲᠠ ᠳᠤ ᠤᠷᠤᠭᠰᠠᠨ ᠢ ᠬᠠᠷᠠᠭᠤᠯᠪᠠ᠃

• ᠤᠷᠳᠤᠰ ᠬᠣᠲᠠ ᠵᠢᠨ ᠤᠲᠤᠭ ᠤᠨ ᠡᠮᠤᠨᠡᠲᠤ  ᠬᠤᠰᠢᠭᠤ ᠤᠢᠢᠷ᠎ᠠ ᠳᠤ ᠱᠸ᠋ᠨᠵᠸ᠋ᠨ ᠬᠣᠲᠠ ᠵᠢᠨ ᠲᠸ᠋ᠩ ᠰᠢᠶᠦᠢᠨ ᠺᠤᠮᠫᠢᠦᠢᠲ᠋ᠧᠷ ᠤᠨ ᠰᠢᠰᠲ᠋ᠧᠮ ᠤᠨ ᠬᠢᠵᠠᠭᠠᠷᠲᠤ ᠺᠣᠮᠫᠠᠨᠢ ᠲᠠᠢ ᠶᠠᠷᠢᠯᠴᠠᠬᠤ ᠬᠤᠷᠠᠯ ᠬᠢᠪᠡ᠃

• ᠭᠡᠰᠢᠭᠲᠡᠨ ᠬᠤᠰᠢᠭᠤᠨ ᠤ ᠳᠠᠷᠬᠠᠨ᠋ᠠᠠᠭᠤᠯᠠ ᠰᠤᠮᠤ ᠵᠢᠨ ᠳᠦᠷᠦᠭᠡᠨᠠᠭᠤᠷ ᠭᠠᠴᠠᠭᠠᠨ ᠤ ᠬᠠᠮᠲᠤ ᠵᠢᠨ ᠦᠮᠴᠢᠯᠡᠯᠲᠤ ᠬᠤᠪᠢᠴᠠᠭᠠᠲᠤ ᠬᠤᠷᠰᠢᠶᠠᠵᠢᠯ ᠪᠠᠢᠢᠭᠤᠯᠤᠭᠳᠠᠬᠤ ᠶᠣᠰᠣᠯᠠᠯ ᠵᠢᠴᠢ ᠲᠡᠷᠢᠭᠦᠨ ᠤ ᠬᠤᠪᠢ ᠬᠦᠮᠦᠨ ᠢ ᠱᠠᠩᠨᠠᠨ ᠬᠦᠬᠢᠭᠦᠯᠬᠦ ᠬᠤᠷᠠᠯ 11 ᠰᠠᠷ᠎ᠠ ᠵᠢᠨ 11 ᠤ ᠡᠳᠦᠷ ᠳᠦᠷᠦᠭᠡᠨᠠᠭᠤᠷ ᠭᠠᠴᠠᠭᠠᠨ ᠳᠤ  ᠪᠤᠯᠵᠤ ᠦᠩᠭᠡᠷᠡᠪᠡ᠃

• ᠤᠢᠢᠷ᠎ᠠ ᠳᠤ᠂ ᠳᠤᠮᠳᠠᠳᠤ ᠤᠯᠤᠰ ᠤᠨ ᠠᠮᠤ ᠲᠤᠰᠤᠨ ᠤ ᠨᠡᠢᠢᠭᠡᠮᠯᠢᠭ ᠡᠴᠡ ᠪᠠᠶᠠᠨᠨᠠᠭᠤᠷ ᠬᠤᠲᠠ ᠳᠤ︽ᠨᠠᠷᠠᠨ ᠬᠤᠸ᠋ᠠᠷ ᠤᠨ ᠦᠷ᠎ᠡ ᠵᠢᠨ ᠲᠤᠰᠤᠨ ᠤ ᠨᠤᠲᠤᠭ︾ᠬᠡᠮᠡᠬᠦ ᠫᠠᠢᠢᠰᠠ ᠢᠯᠡᠷᠬᠡᠢᠢᠯᠡᠯ ᠣᠯᠭᠣᠬᠤ ᠶᠣᠰᠣᠯᠠᠯ ᠪᠠᠶᠠᠨᠨᠠᠭᠤᠷ ᠬᠤᠲᠠ ᠳᠤ  ᠶᠠᠪᠤᠭᠳᠠᠵᠤ᠂  ᠲᠤᠰ ᠬᠤᠲᠠ ᠨᠢ ᠪᠦᠬᠦ ᠤᠯᠤᠰ ᠤᠨ ᠠᠩᠬᠠᠳᠠᠭᠴᠢ᠂ ᠮᠦᠨ ᠴᠤ᠌ ᠳᠤᠮᠳᠠᠳᠤ ᠤᠯᠤᠰ ᠤᠨ ᠠᠮᠤ ᠲᠤᠰᠤᠨ ᠤ ᠰᠤᠳᠤᠯᠭᠠᠨ ᠤ ᠨᠡᠢᠢᠭᠡᠮᠯᠢᠭ ᠲᠤ︽ᠨᠠᠷᠠᠨ ᠬᠤᠸᠠᠷ ᠤᠨ ᠦᠷ᠎ᠡ ᠵᠢᠨ ᠲᠤᠰᠤᠨ ᠤ ᠨᠤᠲᠤᠭ︾ ᠵᠢᠡᠷ  ᠨᠡᠷᠡᠢᠢᠳᠦᠭᠳᠡᠭᠰᠡᠨ ᠴᠤᠷ ᠤᠨ ᠭᠠᠭᠴᠠ ᠬᠤᠲᠠ ᠪᠤᠯᠪᠠ᠃

• ᠪᠠᠷᠠᠭᠤᠨ ᠦᠵᠦᠮᠦᠴᠢᠨ ᠬᠤᠰᠢᠭᠤᠨ ᠤ ᠪᠠᠶᠠᠨᠬᠤᠰᠢᠭᠤ ᠰᠤᠮᠤᠨ ᠤ ᠪᠤᠯᠠᠭᠠᠨ ᠭᠠᠴᠠᠭ᠎ᠠ 80 ᠭᠠᠷᠤᠢ ᠲᠦᠮᠡᠨ ᠲᠦᠭᠦᠷᠢᠭ ᠤᠨ ᠪᠡᠯᠡ  ᠤᠷᠤᠭᠤᠯᠤᠨ᠂ ᠰᠢᠯᠢᠳᠡᠭ ᠡᠭᠦᠯᠳᠡᠷ ᠤᠨ ᠦᠵᠦᠮᠦᠴᠢᠨ ᠬᠤᠨᠢ ᠰᠤᠩᠭᠤᠨ ᠪᠤᠢᠢᠵᠢᠭᠤᠯᠬᠤ ᠰᠠᠭᠤᠷᠢᠨ ᠢ ᠪᠠᠢᠢᠭᠤᠯᠵᠤ᠂ ᠬᠠᠮᠲᠤ ᠵᠢᠨ ᠠᠵᠤ ᠠᠬᠤᠢ ᠶᠢ ᠬᠦᠭᠵᠢᠭᠦᠯᠬᠦ ᠪᠡᠷ ᠪᠤᠢ᠃

• ᠤᠷᠳᠤᠰ ᠬᠣᠲᠠ ᠵᠢᠨ ᠤᠲᠤᠭ ᠤᠨ ᠡᠮᠤᠨᠡᠲᠤ ᠬᠤᠰᠢᠭᠤᠨ ᠤ 58 ᠨᠠᠰᠤᠲᠠᠢ ᠠᠬᠠᠮᠠᠳ ᠺᠠᠳ᠋ᠷ ᠳᠤᠷᠵᠢ ᠠᠵᠢᠯ ᠤᠨ ᠠᠮᠠᠷᠠᠯᠲᠠ ᠪᠡᠨ ᠠᠪᠤᠭᠰᠠᠨ ᠡᠴᠡ ᠡᠬᠢᠯᠡᠭᠡᠳ ᠤᠳᠤ ᠪᠤᠯᠲᠠᠯ᠎ᠠ ᠨᠠᠰᠤᠲᠠᠢᠢᠴᠤᠳ ᠢ ᠠᠰᠠᠷᠠᠬᠤ ᠠᠵᠢᠯ ᠢ ᠬᠢᠭᠡᠳ 5 ᠵᠢᠯ ᠪᠤᠯᠵᠤ᠂ ᠨᠡᠢᠢᠲᠡ 300 ᠰᠢᠬᠠᠮ ᠨᠠᠰᠤᠲᠠᠢᠢᠴᠤᠳ ᠢ ᠠᠰᠠᠷᠠᠵᠤ ᠥᠩᠭᠡᠷᠡᠭᠰᠡᠨ ᠪᠠᠢᠢᠨ᠎ᠠ᠃• 11 ᠰᠠᠷ᠎ᠠ ᠵᠢᠨ 1 ᠡᠴᠡ 11 ᠤ ᠡᠳᠦᠷ ᠪᠤᠯᠲᠠᠯ᠎ᠠ᠂ ᠳᠤᠮᠳᠠᠳᠤ ᠤᠯᠤᠰ ᠤᠨ ᠪᠦᠬᠦ ᠭᠠᠵᠠᠷ ᠤᠨ ᠰᠢᠤᠳᠠᠨ ᠪᠤᠯᠤᠨ ᠲᠦᠷᠭᠡᠨ ᠭᠤᠪᠢᠭᠤᠯᠭ᠎ᠠ ᠵᠢᠨ ᠺᠣᠮᠫᠠᠨᠢ 39.65 ᠳᠦᠢᠩᠰᠢᠭᠤᠷ ᠪᠤᠭᠤᠳᠠᠯ ᠪᠠᠭᠯᠠᠭ᠎ᠠ ᠵᠣᠬᠢᠴᠠᠭᠤᠯᠵᠤ᠂ ᠡᠭᠦᠨ ᠳᠤ︽ᠬᠤᠤᠰ 11︾ ᠳᠤ ᠢᠯᠡᠭᠡᠭᠰᠡᠨ ᠲᠦᠷᠭᠡᠨ ᠭᠤᠪᠢᠭᠤᠯᠭ᠎ᠠ ᠨᠢ 6.75 ᠳᠦᠢᠩᠰᠢᠭᠤᠷ ᠬᠦᠷᠴᠤ᠂ ᠨᠢᠳᠤᠨᠤᠨ ᠤ᠋ ᠠᠳᠠᠯᠢ ᠬᠤᠭᠤᠴᠠᠭᠠᠨ ᠤ ᠬᠢ ᠡᠴᠡ 26.16% ᠪᠡᠷ ᠨᠡᠮᠡᠭᠳᠡᠨ ᠲᠡᠦᠬᠡ ᠵᠢᠨ ᠰᠢᠨ᠎ᠡ ᠲᠡᠮᠳᠡᠭᠯᠡᠯ ᠢ ᠡᠭᠦᠳᠴᠠᠢ᠃

ᠰᠣᠶᠣᠯ

• ᠬᠢᠩᠭᠠᠨ ᠠᠢᠢᠮᠠᠭ ᠤᠨ ᠷᠠᠰᠢᠶᠠᠨ ᠬᠣᠲᠠ ᠵᠢᠨ ᠵᠠᠰᠠᠭ ᠤᠨ ᠤᠷᠳᠤᠨ 11 ᠰᠠᠷ᠎ᠠ ᠵᠢᠨ 12 ᠤᠨ ᠡᠳᠦᠷ ᠬᠦᠬᠡᠬᠤᠲᠠ ᠳᠤ 2020 ᠤᠨ ᠤ ᠷᠠᠰᠢᠶᠠᠨ ᠬᠣᠲᠠ ᠵᠢᠨ ᠡᠪᠦᠯ ᠤᠨ ᠤᠯᠠᠷᠢᠯ ᠤᠨ ᠵᠤᠭᠠᠴᠠᠯ ᠤᠨ ᠲᠠᠨᠢᠯᠴᠠᠭᠤᠯᠭ᠎ᠠ ᠵᠢᠨ ᠬᠤᠷᠠᠯ ᠬᠢᠵᠤ᠂ ᠷᠠᠰᠢᠶᠠᠨ ᠤ ᠡᠪᠦᠯ ᠤᠨ ᠤᠯᠠᠷᠢᠯ ᠤᠨ ᠵᠤᠭᠠᠴᠠᠯ ᠤᠨ ᠲᠥᠷᠥᠯ ᠵᠦᠢᠯ ᠪᠠ ᠳᠡᠮᠵᠢᠯᠭᠡ ᠵᠢᠨ ᠲᠦᠷᠦ ᠵᠢᠨ ᠪᠣᠳᠣᠯᠭ᠎ᠠ ᠶᠢ ᠲᠠᠨᠢᠯᠴᠠᠭᠤᠯᠪᠠ᠃ ᠷᠠᠰᠢᠶᠠᠨ ᠬᠤᠲᠠ ᠳᠤ ᠤᠳᠤ ᠳᠡᠯᠡᠬᠡᠢ ᠵᠢᠨ ᠭᠠᠵᠠᠷ ᠰᠢᠨᠵᠢᠯᠡᠭᠡᠨ ᠤ ᠴᠡᠴᠡᠷᠯᠢᠭ 1᠂ ᠤᠯᠤᠰ ᠤᠨ ᠤᠢ ᠰᠢᠭᠤᠢ ᠵᠢᠨ ᠴᠡᠴᠡᠷᠯᠢᠭ 2᠂  ᠤᠯᠤᠰ ᠤᠨ ᠨᠤᠭᠤ ᠭᠠᠵᠠᠷ ᠤᠨ  ᠬᠠᠮᠠᠭᠠᠯᠠᠯᠲᠠ ᠵᠢᠨ ᠤᠷᠤᠨ 3᠂ ᠤᠯᠤᠰ ᠤᠨ 5A ᠳᠡᠰ ᠤᠨ ᠵᠤᠭᠠᠴᠠᠯ ᠤᠨ ᠤᠷᠤᠨ 1᠂  ᠤᠯᠤᠰ ᠤᠨ 4A ᠳᠡᠰ ᠤᠨ ᠵᠤᠭᠠᠴᠠᠯ ᠤᠨ ᠤᠷᠤᠨ 2 ᠪᠤᠢ᠃• 11 ᠰᠠᠷ᠎ᠠ ᠵᠢᠨ 12 ᠤᠨ ᠡᠳᠦᠷ᠂ ᠮᠤᠩᠭᠤᠯ ᠦᠨᠳᠦᠰᠦᠲᠡᠨ ᠤ ᠬᠤᠪᠴᠠᠰᠤ ᠵᠠᠰᠠᠯ ᠢ ᠵᠢᠷᠤᠵᠤ ᠲᠦᠯᠦᠪᠯᠡᠬᠦ ᠤᠷᠤᠯᠳᠤᠭᠠᠨ ᠲᠦᠩᠯᠢᠶᠤᠤ ᠬᠤᠲᠠ ᠳᠤ ᠶᠠᠪᠤᠭᠳᠠᠵᠤ᠂ ᠮᠠᠨ ᠤ ᠤᠷᠤᠨ ᠤ ᠡᠯ᠎ᠡ ᠠᠢᠢᠮᠠᠭ ᠬᠤᠲᠠ ᠵᠢᠨ 81ᠲᠦᠯᠦᠭᠡᠯᠡᠭᠴᠢ ᠵᠢᠨ ᠠᠩᠭᠢ ᠵᠢᠴᠢ ᠰᠢᠨᠵᠢᠶᠠᠩ᠂ ᠶᠦᠨᠨᠠᠨ᠂ ᠬᠦᠬᠡᠨᠠᠭᠤᠷ᠂ ᠭᠢᠷᠢᠨ᠂ ᠭᠠᠨᠰᠤ ᠵᠡᠷᠭᠡ ᠮᠤᠵᠢ ᠤᠷᠤᠨ ᠤ 7 ᠲᠦᠯᠦᠭᠡᠯᠡᠭᠴᠢ ᠵᠢᠨ ᠠᠩᠭᠢ ᠤᠷᠤᠯᠴᠠᠵᠤ᠂ ᠤᠯᠠᠮᠵᠢᠯᠠᠯᠲᠤ ᠬᠤᠪᠴᠠᠰᠤ ᠵᠠᠰᠠᠯ᠂ ᠤᠳᠤ ᠦᠶ᠎ᠡ ᠵᠢᠨ ᠬᠤᠪᠴᠠᠰᠤ ᠵᠠᠰᠠᠯ᠂ ᠠᠵᠢᠯ ᠲᠦᠷᠦᠯ ᠤᠨ ᠬᠤᠪᠴᠠᠰᠤ ᠵᠠᠰᠠᠯ᠂ ᠶᠤᠰᠤᠯᠠᠯ ᠤᠨ ᠬᠤᠪᠴᠠᠰᠤ ᠵᠠᠰᠠᠯ᠂ ᠰᠤᠷᠤᠭᠴᠢ ᠵᠢᠨ ᠬᠤᠪᠴᠠᠰᠤ᠂ ᠡᠷᠡᠭᠲᠡᠢ ᠵᠢᠨ ᠬᠤᠪᠴᠠᠰᠤ ᠮᠠᠯᠠᠭᠠᠢ ᠵᠡᠷᠭᠡ 6 ᠲᠦᠷᠦᠯ ᠵᠢᠡᠷ  ᠤᠷᠤᠯᠳᠤᠪᠠ᠃


QQ截图20201113100606.png


• ᠤᠢᠢᠷ᠎ᠠ ᠳᠤ᠂ ᠠᠪᠠᠭ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠦᠪ ᠡᠴᠡ ᠳᠠᠭᠠᠭᠠᠴᠢᠯᠠᠨ ᠬᠢᠵᠤ ᠪᠤᠢ ᠮᠠᠯᠴᠢᠨ ᠲᠦᠮᠡᠨ᠂ ᠨᠡᠢᠢᠭᠡᠮ ᠤᠨ ᠡᠯ᠎ᠡ ᠡᠲᠡᠭᠡᠳ ᠲᠤ᠌ ᠡᠬᠡ ᠬᠡᠯᠡ ᠪᠡᠷ ᠵᠢᠡᠨ ᠦᠢᠯᠡᠴᠢᠯᠡᠨ ᠠᠷᠠᠳ ᠲᠤ ᠳᠦᠭᠦᠮ ᠦᠵᠡᠭᠦᠯᠳᠡᠭ︽ᠠᠪᠠᠭ᠎ᠠ ᠨᠤᠲᠤᠭ︾ᠲᠤᠰᠬᠠᠢ ᠮᠣᠩᠭᠣᠯ ᠰᠤᠷᠠᠭ ᠵᠠᠩᠭᠢ ᠵᠢᠨAPP ᠳᠠᠪᠴᠠᠩ ᠠᠰᠢᠭᠯᠠᠯᠲᠠ ᠳᠤ ᠤᠷᠤᠵᠤ᠂ ᠲᠤᠰ ᠬᠤᠰᠢᠭᠤᠨ ᠤ ᠤᠯᠤᠰ ᠲᠦᠷᠦ᠂ ᠠᠵᠤ ᠠᠬᠤᠢ᠂ ᠰᠤᠨᠢᠨ ᠮᠡᠳᠡᠭᠡ᠂ ᠨᠡᠢᠢᠭᠡᠮ ᠤᠨ ᠰᠤᠷᠠᠭ ᠵᠠᠩᠬᠢ᠂ ᠦᠢᠯᠡᠴᠢᠯᠡᠭᠡ ᠶᠢ ᠬᠠᠮᠤᠷᠤᠭᠰᠠᠨ ᠪᠦᠷᠢᠨ ᠬᠡᠷᠡᠭᠴᠡᠭᠡᠲᠤ ᠰᠤᠷᠠᠭ ᠵᠠᠩᠬᠢ ᠵᠢᠨAPP ᠪᠤᠯᠤᠨ᠎ᠠ᠃

• 11 ᠰᠠᠷ᠎ᠠ ᠵᠢᠨ 12 ᠤᠨ ᠡᠳᠦᠷ᠂  ᠰᠥᠨᠢᠳ ᠪᠠᠷᠠᠭᠤᠨ  ᠬᠤᠰᠢᠭᠤ︽ᠮᠤᠷᠢᠨ ᠨᠢᠷᠦᠭᠤᠨ ᠳᠡᠭᠡᠷᠡᠭᠢ︾ᠲᠡᠦᠬᠡ ᠵᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠭᠡᠰᠢᠭᠦᠳ ᠤᠨ ᠪᠣᠯᠪᠠᠰᠤᠷᠠᠯ ᠡᠷᠬᠢᠯᠡᠨ᠂ 21 ᠨᠡᠷ᠎ᠡ ᠲᠡᠦᠬᠡ ᠵᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠬᠡᠰᠢᠭᠦᠨ ᠳᠤ ᠪᠣᠯᠪᠠᠰᠤᠷᠠᠯ  ᠬᠦᠷᠲᠡᠭᠡᠵᠤ ᠤᠷᠢᠯᠭ᠎ᠠ ᠵᠢᠨ ᠪᠢᠴᠢᠭ ᠭᠠᠷᠳᠠᠭᠤᠯᠪᠠ᠃


QQ截图20201113100137.png


• 11 ᠰᠠᠷ᠎ᠠ ᠵᠢᠨ 11᠂ 12 ᠤᠨ ᠡᠳᠦᠷ ᠤᠯᠠᠭᠠᠨᠬᠠᠳᠠ ᠬᠣᠲᠠ ᠵᠢᠨ ᠠᠵᠢᠯᠴᠢᠨ ᠤ ᠶᠡᠷᠦᠩᠬᠡᠢ ᠡᠪᠯᠡᠯ ᠡᠴᠡ︽ᠬᠦᠳᠡᠯᠮᠤᠷᠢ ᠪᠡᠷ ᠳᠤᠮᠳᠠᠳᠤ ᠵᠢᠨ ᠬᠦᠰᠡᠯ ᠵᠡᠭᠦᠳᠤ ᠵᠢᠡᠨ ᠲᠡᠷᠭᠡᠯᠰᠢᠭᠦᠯᠵᠤ᠂ ᠬᠠᠤᠯᠢ  ᠵᠢᠨ ᠵᠠᠰᠠᠯᠲᠠ ᠪᠡᠷ ᠠᠵᠢᠯᠴᠢᠨ ᠤ ᠰᠡᠳᠭᠢᠯ ᠢ ᠭᠡᠷᠡᠯᠲᠦᠭᠦᠯᠦᠶ᠎ᠡ︾ᠪᠦᠬᠦ ᠬᠣᠲᠠ ᠵᠢᠨ ᠠᠵᠢᠯᠲᠠᠨ ᠠᠵᠢᠯᠴᠢᠨ ᠤ ᠬᠠᠤᠯᠢ ᠴᠠᠭᠠᠵᠠ ᠵᠢᠨ ᠮᠡᠳᠡᠯᠭᠡ ᠵᠢᠨ ᠤᠷᠤᠯᠳᠤᠭᠠᠨ ᠢ ᠶᠠᠪᠤᠭᠳᠠᠭᠤᠯᠪᠠ᠃

• 2020 ᠤᠨ ᠤ ᠤᠯᠤᠰ ᠤᠨ ᠳᠡᠰ ᠤᠨ ᠪᠣᠳᠠᠰ ᠤᠨ ᠪᠤᠰᠤ ᠰᠤᠶᠤᠯ ᠤᠨ ᠦᠪ ᠤᠨ ᠲᠦᠯᠦᠭᠡᠯᠡᠬᠦ ᠴᠢᠨᠠᠷᠲᠠᠢ ᠲᠥᠷᠥᠯ ᠵᠦᠢᠯ ᠪᠤᠯᠬᠤ ᠬᠤᠭᠤᠷ ᠤᠨ ᠦᠯᠢᠭᠡᠷ᠂ ᠳᠥᠷᠪᠡᠨ ᠤᠲᠠᠰᠤᠲᠤ ᠬᠤᠭᠤᠷ ᠤᠨ ᠤᠯᠠᠮᠵᠢᠯᠠᠭᠴᠢᠳ ᠤᠨ ᠪᠤᠯᠪᠠᠰᠤᠷᠠᠯ ᠤᠨ ᠠᠩᠭᠢ ᠵᠠᠷᠤᠳ ᠬᠤᠰᠢᠭᠤᠨ ᠳᠤ ᠡᠬᠢᠯᠡᠵᠤ᠂ 11 ᠰᠠᠷ᠎ᠠ ᠵᠢᠨ 15 ᠤ ᠡᠳᠦᠷ ᠪᠤᠯᠲᠠᠯ᠎ᠠ ᠶᠠᠪᠤᠭᠳᠠᠬᠤ ᠪᠤᠯᠤᠨ᠎ᠠ᠃


QQ截图20201109084209.png


ᠦᠢᠯᠡᠴᠢᠯᠡᠭᠡ

• ᠴᠠᠭ ᠠᠭᠤᠷ ᠤᠨ ᠲᠣᠪᠴᠢᠶᠠᠨ ᠤ ᠤᠷᠢᠳᠴᠢᠯᠠᠨ ᠮᠡᠳᠡᠭᠡᠯᠡᠭᠰᠡᠨ ᠵᠢᠡᠷ᠂ ᠥᠨᠥᠳᠥᠷ  ᠮᠠᠨ ᠤ ᠤᠷᠤᠨ ᠤ ᠪᠠᠷᠠᠭᠤᠨ ᠳᠤᠮᠳᠠ ᠪᠡᠶ᠎ᠡ ᠵᠢᠨ ᠭᠠᠵᠠᠷ ᠵᠢᠡᠷ ᠡᠭᠦᠯᠡᠰᠢᠵᠤ ᠪᠠᠢᠢᠭᠰᠠᠨ ᠵᠢᠡᠨ ᠲᠤᠩᠭᠠᠯᠠᠭᠰᠢᠨ᠎ᠡ᠃  ᠤᠯᠠᠭᠠᠨᠴᠠᠪ ᠤᠨ ᠪᠠᠷᠠᠭᠤᠨ ᠬᠤᠢᠢᠲᠤ ᠪᠡᠶ᠎ᠡ ᠵᠢᠨ ᠬᠡᠰᠡᠭ ᠭᠠᠵᠠᠷ ᠵᠢᠡᠷ ᠪᠠᠭ᠎ᠠ ᠪᠣᠷᠣᠭᠠᠨ᠂ ᠴᠠᠰᠤ ᠪᠣᠷᠣᠭᠠᠨ ᠬᠤᠯᠢᠯᠳᠤᠨ ᠤᠷᠤᠬᠤ ᠪᠤᠶᠤ ᠪᠠᠭ᠎ᠠ ᠴᠠᠰᠤ ᠲᠠᠢ ᠪᠠᠢᠢᠵᠤ᠂ ᠪᠤᠰᠤᠳ ᠭᠠᠵᠠᠷ ᠲᠤᠩᠭᠠᠯᠠᠭ ᠡᠴᠡ ᠡᠭᠦᠯᠡᠰᠢᠨ᠎ᠡ᠃

• ᠬᠥᠬᠡᠬᠣᠲᠠ ᠵᠢᠨ ᠵᠦᠩ ᠱᠠᠨ ᠵᠠᠮ ᠳᠤ ᠪᠤᠰᠤᠭ᠎ᠠ ᠳᠠᠪᠬᠤᠷᠭᠠᠲᠤ ᠤᠶᠤᠨᠯᠢᠭ ᠲᠡᠷᠭᠡᠨ ᠵᠤᠭᠰᠤᠭᠠᠯ ᠤᠨ ᠭᠠᠵᠠᠷ ᠲᠠᠢ ᠪᠤᠯᠪᠠ᠃ ᠲᠤᠰ ᠲᠡᠷᠭᠡᠨ ᠵᠤᠭᠰᠤᠭᠠᠯ ᠨᠢ 930 ᠲᠡᠭᠰᠢ ᠳᠦᠷᠪᠡᠯᠵᠢᠨ ᠮᠸ᠋ᠲ᠋ᠷ᠂ 220 ᠲᠡᠷᠭᠡ ᠵᠤᠭᠰᠤᠵᠤ ᠪᠤᠯᠳᠠᠭ᠃  ᠰᠦᠢᠳᠭᠡᠯ ᠬᠤᠷᠢᠶᠠᠬᠤ ᠪᠠᠷᠢᠮᠵᠢᠶ᠎ᠡ ᠨᠢ ᠴᠠᠭ ᠪᠦᠷᠢ 4 ᠲᠦᠭᠦᠷᠢᠭ ᠪᠠᠢᠢᠵᠤ᠂ ᠨᠢᠭᠡ ᠡᠳᠦᠷ ᠲᠤ ᠬᠠᠮᠤᠭ ᠢᠯᠡᠭᠦᠦ ᠳᠤ ᠪᠡᠨ 30  ᠲᠦᠭᠦᠷᠢᠭ ᠬᠤᠷᠢᠶᠠᠨ᠎ᠠ᠃

ᠦᠨᠦᠳᠦᠷ ᠤᠨ ᠨᠡᠪᠲᠡᠷᠡᠭᠦᠯᠭᠡ ᠪᠡᠷ ᠪᠢᠳᠡ ᠤᠯᠠᠭᠠᠨᠬᠠᠳᠠ ᠬᠣᠲᠠ ᠵᠢᠨ  ᠬᠡᠰᠢᠭᠲᠡᠨ ᠬᠤᠰᠢᠭᠤᠨ ᠤ ᠪᠠᠶᠠᠨᠴᠠᠭᠠᠨ ᠰᠤᠮᠤᠨ ᠤ ᠠᠵᠢᠯ ᠤᠨ ᠴᠢᠯᠦᠭᠡᠨ ᠤ ᠭᠡᠷᠡᠯ ᠵᠢᠷᠤᠭ ᠤ᠋ᠨ ᠪᠠᠬᠠᠲᠠᠨ ᠤᠷᠠᠨᠲᠤᠭᠤᠰ ᠤᠨ ᠭᠡᠷᠡᠯ ᠵᠢᠷᠤᠭ ᠤᠨ ᠪᠦᠲᠦᠭᠡᠯ ᠡᠴᠡ ᠰᠤᠨᠢᠷᠬᠠᠶ᠎ᠠ᠃ᠦᠨᠦᠳᠦᠷ ᠤᠨ ᠨᠡᠪᠳᠡᠷᠡᠭᠦᠯᠭᠡ ᠮᠠᠨᠢ ᠡᠢᠢᠨᠬᠦ ᠦᠨᠳᠦᠷᠯᠡᠵᠦ ᠪᠠᠢᠢᠨ᠎ᠠ᠃ ᠮᠡᠳᠡᠭᠡ ᠵᠢ ᠮᠢᠨᠢ ᠬᠦᠯᠢᠶᠠᠨ ᠰᠤᠨᠤᠰᠴᠤ᠂ ᠤᠷᠮ᠎ᠠ ᠬᠠᠢᠢᠷᠠᠯᠠᠭᠰᠠᠨ ᠲᠠ ᠪᠦᠬᠦᠨ ᠳᠡᠭᠡᠨ ᠠᠵᠠ ᠵᠢᠷᠭᠠᠯ ᠬᠦᠰᠡᠡ︽ᠡᠵᠢ ᠪᠡᠨ ᠳᠤᠷᠠᠰᠤᠨ᠎ᠠ︾ᠳᠠᠭᠤᠤ ᠪᠠᠷ ᠠᠶ᠎ᠠ ᠪᠠᠷᠢᠵᠦ ᠨᠡᠪᠲᠡᠷᠡᠬᠦᠯᠭᠡ ᠪᠠᠨ ᠵᠢᠷᠭᠠᠭᠠᠶ᠎ᠠ︕ ᠪᠠᠶᠠᠷᠲᠠᠢ︕

ᠨᠠᠢᠢᠷᠠᠭᠤᠯᠤᠨ ᠨᠡᠪᠳᠡᠷᠡᠭᠦᠯᠦᠭᠴᠢ᠄ ᠨᠠᠮᠤᠭ  

ᠮᠡᠷᠭᠡᠵᠢᠯ᠄ ᠨᠠᠮᠤᠭ

ᠬᠢᠨᠠᠨ ᠦᠢᠯᠡᠳᠦᠭᠴᠢ᠄ ᠪᠤᠶᠠᠨᠲᠤ

ᠶᠡᠷᠦᠩᠬᠡᠢ ᠬᠢᠨᠠᠨ ᠦᠢᠯᠡᠳᠦᠭᠴᠢ᠄ ᠵᠢᠨ ᠱᠠᠨ 


 
   
   
2008-2018 ©                                0471-6659832   tn@mgyxw.net   蒙ICP备10000005号