11 ᠰᠠᠷ᠎ᠠ ᠶᠢᠨ 20 ᠤ ᠡᠳᠦᠷ
  
2020-11-20 09:32:14
 ᠄
 
᠄
 
᠄
 
  

ᠡᠷᠭᠢᠮ ᠭᠦᠨᠳᠦᠳᠦ ᠰᠤᠨᠤᠰᠤᠭᠴᠢᠳ ᠮᠢᠨᠢ᠂ ᠰᠠᠢᠢᠨ ᠪᠠᠢᠢᠨᠠᠦ︖ᠦᠨᠦᠳᠦᠷ ᠪᠤᠯ 2020 ᠤᠨ ᠪ 11 ᠰᠠᠷ᠎ᠠ ᠵᠢᠨ 20 ᠤ ᠡᠳᠦᠷ᠂ ᠪᠢᠯᠢᠭ ᠤᠨ ᠤᠯᠠᠷᠢᠯ ᠤᠨ ᠴᠠᠭᠠᠨ ᠬᠤᠯᠤᠭᠠᠨ᠎ᠠ ᠵᠢᠯ ᠤᠨ 10 ᠰᠠᠷ᠎ᠠ ᠵᠢᠨ 6᠂ ᠭᠠᠷᠠᠭ ᠤᠨ ᠲᠠᠪᠤᠨ᠃ ᠦᠪᠦᠷ ᠮᠤᠨᠭᠭᠤᠯ ᠤᠨ ᠡᠳᠦᠷ ᠤᠨ ᠰᠤᠨᠢᠨ ᠪ ᠬᠤᠷᠢᠶ᠎ᠠ ᠵᠢᠨ ᠬᠠᠮ ᠵᠠᠭᠤᠴᠢᠯᠠᠭᠤᠷ ᠤᠨ ︽ᠬᠦᠯᠦᠭ ᠨᠡᠪᠲᠡᠷᠡᠭᠦᠯᠭᠡ︾ᠲᠠ ᠪᠦᠬᠦᠨ ᠲᠠᠢ ᠪᠡᠨ ᠮᠡᠨᠳᠦᠴᠢᠯᠡᠨ ᠵᠤᠯᠭᠠᠵᠤ ᠪᠠᠢᠢᠨ᠎ᠠ᠃

ᠨᠡᠢᠢᠭᠡᠮ

• 11 ᠰᠠᠷ᠎ᠠ ᠵᠢᠨ 18 ᠤ ᠦᠳᠡ ᠵᠢᠨ ᠡᠮᠤᠨ᠎ᠡ᠂  ︽ᠮᠤᠩᠭᠤᠯ︾ᠦᠰᠦᠭᠲᠤ ᠲᠦᠷᠦᠯ ᠲᠡᠮᠳᠡᠭᠲᠤ ᠶᠢ ᠨᠡᠢᠢᠲᠡᠯᠡᠬᠦ ᠬᠤᠷᠠᠯ ᠨᠡᠢᠢᠰᠯᠡᠯ ᠪᠡᠭᠡᠵᠢᠩ ᠳᠤ  ᠶᠠᠪᠤᠭᠳᠠᠪᠠ᠃  ᠨᠠᠷᠢᠨ ᠠᠭᠤᠯᠭ᠎ᠠ ᠶᠢ ᠥᠪᠥᠷ ᠮᠤᠩᠭᠤᠯ ᠤᠨ ᠡᠳᠦᠷ ᠤᠨ ᠰᠤᠨᠢᠨ ᠤ ᠮᠤᠩᠭᠤᠯ ᠰᠤᠨᠢᠨ ᠤ ᠵᠢᠷᠭᠢᠶ᠎ᠡ ᠵᠢᠨ ᠳᠠᠪᠴᠠᠩ︵11 ᠰᠠᠷ᠎ᠠ ᠵᠢᠨ 18 ᠤ ᠡᠳᠦᠷ︶ᠡᠴᠡ ᠤᠢᠢᠯᠠᠭᠠᠭᠠᠷᠠᠢ᠃



• ᠤᠢᠢᠷ᠎ᠠ ᠳᠤ᠂ ᠤᠷᠳᠤᠰ ᠬᠣᠲᠠ ᠵᠢᠨ ᠤᠲᠤᠭ ᠤᠨ ᠡᠮᠤᠨᠠᠲᠤ ᠬᠤᠰᠢᠭᠤᠨ ᠤ᠋ ᠤᠯᠠᠭᠠᠨ ᠵᠠᠭᠠᠯᠮᠠᠢᠢᠲᠠᠨ ᠤ ᠨᠡᠢᠢᠭᠡᠮᠯᠢᠭ ︽ᠬᠦᠮᠦᠨᠯᠢᠭ ᠶᠤᠰᠤ᠂ ᠲᠦᠭᠡᠮᠡᠯ ᠬᠠᠢᠢᠷ᠎ᠠ᠂ ᠬᠤᠪᠢ ᠨᠡᠮᠡᠷᠢ ᠦᠵᠡᠭᠦᠯᠬᠦ︾ᠤᠯᠠᠭᠠᠨ ᠵᠠᠭᠠᠯᠮᠠᠢᠢᠲᠠᠨ ᠤ ᠵᠤᠷᠢᠭ ᠰᠠᠨᠠᠭ᠎ᠠ ᠶᠢ ᠢᠳᠡᠪᠬᠢᠲᠠᠢ ᠪᠠᠳᠠᠷᠠᠭᠤᠯᠵᠤ᠂  ᠬᠤᠰᠢᠭᠤᠨ ᠤ  ᠠᠷᠠᠳ ᠤᠨ ᠡᠮᠨᠡᠯᠭᠡ ᠵᠢᠨ ᠬᠤᠷᠢᠶ᠎ᠠ᠂ ᠤᠷᠳᠤᠰ ᠤᠨ ᠰᠢᠦᠢ ᠶᠦᠩ ᠨᠢᠳᠤᠨ ᠡᠮᠨᠡᠯᠭᠡ ᠵᠢᠨ ᠬᠤᠷᠢᠶ᠎ᠠ ᠲᠠᠢ ᠬᠠᠮᠲᠤᠷᠠᠨ 5 ᠡᠳᠦᠷ ᠤᠨ ᠬᠤᠭᠤᠴᠠᠭ᠎ᠠ ᠲᠠᠢ︽ᠬᠠᠷᠠᠭ᠎ᠠ ᠤᠷᠤᠭᠤᠯᠬᠤ ᠠᠶᠠᠯᠠᠯ︾ ᠤᠨ ᠨᠡᠢᠢᠲᠡ ᠵᠢᠨ ᠠᠰᠠᠷᠠᠮᠵᠢ ᠵᠢᠨ ᠠᠵᠢᠯᠯᠠᠭ᠎ᠠ ᠶᠢ ᠵᠣᠬᠢᠶᠠᠨ ᠪᠠᠢᠢᠭᠤᠯᠵᠤ᠂ ᠴᠠᠭᠠᠨ ᠬᠠᠷᠠᠩ ᠡᠪᠡᠳᠴᠢᠲᠡᠨ ᠳᠤ ᠮᠠᠰᠡ ᠵᠠᠰᠠᠯ ᠬᠢᠪᠡ᠃

• ᠤᠢᠢᠷ᠎ᠠ ᠳᠤ᠂ ᠦᠪᠡᠷᠲᠡᠭᠡᠨ ᠵᠠᠰᠠᠬᠤ ᠤᠷᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠢᠨ ᠲᠤᠪᠴᠢᠶ᠎ᠡ ᠢᠳᠡᠭᠡᠨ ᠤ ᠠᠶᠤᠯᠭᠦᠢ ᠵᠢᠨ ᠲᠠᠯ᠎ᠠ ᠳᠤ ᠬᠢᠨᠠᠯᠲᠠ  ᠲᠠᠯᠪᠢᠵᠤ ᠰᠤᠭᠤᠴᠢᠨ ᠪᠠᠢᠢᠴᠠᠭᠠᠬᠤ ᠠᠵᠢᠯᠯᠠᠭ᠎ᠠ ᠦᠷᠨᠢᠭᠦᠯᠵᠤ᠂ ᠢᠳᠡᠰᠢᠨ ᠨᠣᠭᠣᠭᠠᠨ ᠤ ᠪᠦᠲᠦᠭᠡᠭᠳᠡᠬᠦᠨ᠂ ᠴᠠᠭᠠᠨ ᠢᠳᠡᠭᠡᠨ᠂ ᠠᠷᠢᠬᠢᠨ ᠤ ᠵᠦᠢᠯ᠂ ᠬᠣᠭᠣᠯᠠᠨ ᠭᠡᠷ ᠤᠨ ᠢᠳᠡᠭᠡᠨ ᠤᠮᠳᠠᠭᠠᠨ᠂ ᠮᠢᠬᠠᠨ ᠤ ᠪᠦᠲᠦᠭᠡᠭᠳᠡᠬᠦᠨ ᠵᠡᠷᠭᠡ 17 ᠲᠤᠮᠤ ᠲᠦᠷᠦᠯ ᠤᠨ ᠢᠳᠡᠭᠡᠨ ᠤ 826 ᠪᠦᠯᠦᠭ ᠤᠳᠠᠭ᠎ᠠ ᠵᠢᠨ ᠦᠯᠢᠭᠡᠷ ᠡᠳ᠋ ᠢ ᠰᠤᠩᠭᠤᠨ ᠠᠪᠴᠤ ᠪᠠᠢᠢᠴᠠᠭᠠᠯᠲᠠ ᠬᠢᠭᠰᠡᠨ ᠤ ᠳᠦᠢᠩ ᠳᠤ᠂ ᠪᠦᠬᠦ ᠤᠷᠤᠨ ᠳᠤ 23 ᠪᠦᠯᠦᠭ ᠤᠳᠠᠭ᠎ᠠ ᠵᠢᠨ ᠬᠢᠷᠢ ᠲᠡᠩᠴᠡᠭᠰᠡᠨ ᠦᠭᠡᠢ ᠦᠯᠢᠭᠡᠷ ᠡᠳ᠋ ᠢ ᠪᠠᠢᠢᠴᠠᠭᠠᠵᠤ ᠭᠠᠷᠭᠠᠪᠠ᠃



• ᠣᠶᠢᠷ᠎ᠠ ᠳᠤ᠂ ᠬᠥᠬᠡᠬᠣᠲᠠ ᠶᠢᠨ ᠢᠦᠶᠢᠴᠢᠤᠸᠠᠨ ᠲᠣᠭᠣᠷᠢᠭ ᠤᠨ ᠬᠣᠩ ᠪᠥᠸᠧ ᠴᠡᠴᠡᠷᠯᠢᠭᠲᠦ ᠰᠠᠭᠤᠭᠠᠯᠢ ᠠᠷᠠᠳ ᠤᠨ ᠪᠠᠭ᠎ᠠ ᠲᠣᠭᠣᠷᠢᠭ ᠲᠤ︽ᠬᠣᠭ ᠨᠣᠪᠰᠢ ᠶᠢ ᠠᠩᠬᠢᠯᠠᠬᠤ︾ᠭᠣᠸᠯ ᠰᠡᠳᠦᠪᠲᠦ ᠠᠭᠤᠳᠠᠮ ᠲᠠᠯᠠᠪᠠᠶ ᠪᠠᠢᠢᠭᠤᠯᠤᠭᠳᠠᠯ᠎ᠠ᠃

• ᠤᠢᠢᠷ᠎ᠠ ᠳᠤ᠂ ᠬᠤᠷᠴᠢᠨ ᠪᠠᠷᠠᠭᠤᠨ ᠭᠠᠷᠤᠨ ᠡᠮᠤᠨᠠᠲᠤ ᠬᠤᠰᠢᠭᠤᠨ ᠤ ᠤᠢ ᠰᠢᠭᠤᠢ ᠵᠢᠨ ᠳᠤᠲᠤᠭᠠᠳᠤ ᠶᠢ ᠬᠠᠮᠠᠭᠠᠯᠠᠬᠤ ᠲᠤᠪᠴᠢᠶᠠᠨ ᠤ ᠴᠠᠷᠠᠰᠤᠨ ᠤᠢ ᠰᠢᠭᠤᠢ ᠵᠢᠨ ᠲᠤᠳᠤᠭᠠᠳᠤ ᠶᠢ ᠬᠠᠮᠠᠭᠠᠯᠠᠬᠤ ᠰᠠᠯᠪᠤᠷᠢ ᠵᠢᠨ ᠴᠠᠭᠳᠠᠭ᠎ᠠ ᠬᠠᠷᠢᠶ᠎ᠠ ᠤᠷᠤᠨ ᠤ  ᠪᠡᠨ ᠭᠤᠤᠯᠳᠠᠯᠭ᠎ᠠ ᠲᠠᠢ ᠭᠠᠵᠠᠷ ᠲᠤ ᠬᠦᠷᠴᠤ᠂ ᠭᠠᠯ ᠰᠡᠷᠭᠡᠢᠢᠯᠡᠬᠦ ᠤᠬᠠᠭᠤᠯᠬᠤ ᠠᠵᠢᠯ ᠦᠷᠨᠢᠭᠦᠯᠪᠡ᠃


QQ截图20201118171856.png


• 2020 ᠤᠨ ᠤ ᠰᠥᠨᠢᠳ ᠪᠠᠷᠠᠭᠤᠨ ᠬᠤᠰᠢᠭᠤᠨ ᠤ  ᠡᠷᠢᠶᠡᠨᠨᠠᠭᠤᠷ  ᠰᠤᠮᠤᠨ ᠤ ᠵᠢᠪᠬᠤᠯᠠᠩᠲᠤ ᠵᠢᠨ ᠾᠦᠩᠨᠤ ᠵᠢᠨ ᠦᠶ᠎ᠡ ᠵᠢᠨ ᠪᠤᠯᠠᠰᠢ ᠵᠢᠨ ᠮᠠᠯᠳᠠᠯᠭ᠎ᠠ ᠵᠢᠨ ᠠᠵᠢᠯ ᠳᠠᠭᠤᠰᠪᠠ᠃ ᠲᠤᠰ ᠮᠠᠯᠲᠠᠯᠭ᠎ᠠ ᠵᠢᠨ ᠠᠵᠢᠯ ᠢ ᠥᠪᠡᠷᠲᠡᠭᠡᠨ ᠵᠠᠰᠠᠬᠤ ᠤᠷᠤᠨ ᠤ ᠬᠠᠭᠤᠴᠢ ᠰᠤᠳᠤᠯᠤᠯ ᠤᠨ ᠬᠦᠷᠢᠶᠡᠯᠡᠩ ᠪᠤᠯᠤᠨ ᠪᠡᠭᠡᠵᠢᠩ ᠤᠨ ᠪᠠᠭᠰᠢ ᠵᠢᠨ ᠶᠡᠬᠡ ᠰᠤᠷᠭᠠᠭᠤᠯᠢ᠂ ᠥᠪᠥᠷ ᠮᠤᠩᠭᠤᠯ ᠤᠨ ᠶᠡᠬᠡ ᠰᠤᠷᠭᠠᠭᠤᠯᠢ᠂ ᠰᠢᠯᠢ ᠵᠢᠨ ᠭᠤᠤᠯ ᠠᠢᠢᠮᠠᠭ ᠤᠨ ᠡᠷᠲᠡᠨ ᠤ ᠳᠤᠷᠠᠰᠬᠠᠯᠲᠤ ᠵᠦᠢᠯᠡᠰ ᠢ ᠬᠠᠮᠠᠭᠠᠯᠠᠬᠤ ᠥᠷᠲᠡᠭᠡ ᠵᠡᠷᠭᠡ ᠪᠠᠢᠢᠭᠤᠯᠭ᠎ᠠ ᠨᠢᠭᠡᠴᠢ ᠵᠢᠨ ᠬᠠᠭᠤᠴᠢ ᠰᠤᠳᠤᠯᠤᠯ ᠤᠨ ᠬᠠᠮᠲᠤᠷᠠᠭᠰᠠᠨ ᠪᠠᠭ ᠡᠨᠡ ᠵᠢᠯ ᠤᠨ 9 ᠰᠠᠷ᠎ᠠ ᠵᠢᠨ ᠰᠡᠭᠦᠯᠴᠢ ᠡᠴᠡ ᠡᠬᠢᠯᠡᠭᠦᠯᠦᠭᠰᠡᠨ ᠪᠠᠢᠢᠨ᠎ᠠ᠃

• ᠤᠩᠨᠢᠭᠤᠳ ᠬᠤᠰᠢᠭᠤᠨ ᠤ ᠵᠠᠮ ᠬᠠᠷᠢᠯᠴᠠᠭ᠎ᠠ ᠳᠡᠭᠡᠭᠡᠪᠦᠷᠢ ᠵᠢᠨ ᠲᠣᠪᠴᠢᠶ᠎ᠠ ᠡᠴᠡ ᠤᠢᠢᠯᠠᠭᠠᠭᠰᠠᠨ ᠵᠢᠡᠷ᠂ ᠪᠤᠷᠤᠬᠤᠲᠠ ᠡᠴᠡ ᠪᠠᠶᠠᠨᠲᠤᠬᠤᠢ ᠬᠦᠷᠬᠦ ᠠᠮᠢ ᠠᠬᠤᠢ ᠵᠢᠨ ᠶᠠᠳᠠᠭᠤ ᠶᠢ ᠳᠡᠳᠬᠦᠬᠦ ᠵᠠᠮ ᠤᠢᠢᠷ᠎ᠠ ᠵᠢᠨ ᠡᠳᠦᠷ ᠡᠴᠡ ᠵᠢᠩᠬᠢᠨᠢ ᠪᠡᠷ ᠠᠵᠢᠯ ᠵᠢᠡᠨ ᠡᠬᠢᠯᠡᠭᠦᠯᠵᠤ᠂  ᠲᠤᠰ ᠬᠡᠰᠡᠭ ᠵᠠᠮ ᠨᠡᠪᠲᠡᠷᠡᠭᠰᠡᠨ ᠤ ᠳᠠᠷᠠᠭ᠎ᠠ ᠪᠤᠷᠤᠬᠤᠲᠠ ᠡᠴᠡ ᠪᠠᠶᠠᠨᠲᠤᠬᠤᠢ ᠬᠦᠷᠬᠦ ᠵᠠᠮ ᠢ ᠪᠠᠷᠤᠭ 60  ᠺᠢᠯᠦᠮᠧᠲ᠋ᠷ ᠪᠤᠭᠤᠨᠢᠰᠬᠠᠬᠤ  ᠪᠤᠯᠤᠨ᠎ᠠ᠃


QQ截图20201119093158.png


• ᠮᠠᠯᠴᠢᠨ ᠲᠦᠮᠡᠨ ᠤ ᠰᠢᠨᠵᠢᠯᠡᠬᠦ ᠤᠬᠠᠭᠠᠨᠴᠢ ᠪᠡᠷ ᠦᠬᠡᠷ ᠮᠠᠯᠵᠢᠬᠤ ᠤᠢᠢᠯᠠᠭᠠᠯᠲᠠ ᠲᠠᠨᠢᠯᠲᠠ ᠶᠢ ᠬᠦᠨᠵᠡᠭᠡᠢᠢᠷᠡᠭᠦᠯᠵᠤ᠂ ᠪᠦᠬᠦ ᠪᠠᠯᠭᠠᠰᠤᠨ ᠤ ᠮᠠᠯ ᠠᠵᠤ ᠠᠬᠤᠢ ᠵᠢᠨ ᠬᠥᠭᠵᠢᠯᠲᠡ ᠵᠢᠨ ᠲᠦᠪᠰᠢᠨ ᠢ ᠤᠯᠠᠮ  ᠨᠢᠭᠡ ᠠᠯᠬᠤᠮ ᠳᠡᠭᠡᠭᠰᠢᠯᠡᠬᠦᠯᠬᠦ ᠵᠢᠨ ᠲᠥᠯᠥᠭᠡ᠂ ᠠᠪᠠᠭ᠎ᠠ ᠬᠤᠰᠢᠭᠤᠨ ᠤ ᠴᠠᠭᠠᠨᠨᠠᠭᠤᠷ  ᠪᠠᠯᠭᠠᠰᠤᠨ ᠤ ᠨᠠᠮ ᠤᠨ ᠬᠣᠷᠢᠶ᠎ᠠ ᠵᠠᠰᠠᠭ ᠤᠨ ᠤᠷᠳᠤᠨ ᠡᠴᠡ ᠥᠪᠥᠷ ᠮᠤᠩᠭᠤᠯ ᠤᠨ ᠰᠢ ᠯᠦᠩ ᠠᠮᠢᠳᠤ ᠪᠤᠳᠠᠰ ᠤᠨ ᠮᠡᠷᠭᠡᠵᠢᠯ ᠤᠨ ᠬᠢᠵᠠᠭᠠᠷᠲᠤ ᠺᠣᠮᠫᠠᠨᠢ ᠪᠤᠯᠤᠨ ᠠᠪᠠᠭ᠎ᠠ ᠬᠤᠰᠢᠭᠤᠨ ᠤ ᠶᠤᠸ᠋ᠠᠨ ᠱᠠᠩ ᠦᠬᠡᠷ ᠤᠨ ᠦᠢᠯᠡᠰ ᠤᠨ ᠬᠢᠵᠠᠭᠠᠷᠲᠤ ᠺᠣᠮᠫᠠᠨᠢ ᠲᠠᠢ ᠬᠠᠮᠲᠤᠷᠠᠨ᠂ ᠮᠢᠬᠠᠨ ᠤ ᠦᠭᠡᠷ ᠢ ᠰᠢᠨᠵᠢᠯᠡᠬᠦ ᠤᠬᠠᠭᠠᠨᠴᠢ ᠪᠡᠷ ᠠᠷᠠᠴᠢᠯᠠᠨ ᠲᠡᠵᠢᠭᠡᠬᠦ ᠮᠡᠷᠭᠡᠵᠢᠯ ᠤᠨ ᠪᠣᠯᠪᠠᠰᠤᠷᠠᠯ ᠦᠷᠨᠢᠭᠦᠯᠵᠤ᠂ ᠮᠠᠯᠵᠢᠬᠤ ᠡᠷᠦᠬᠡ ᠪᠠ ᠲᠡᠵᠢᠭᠡᠨ ᠦᠷᠡᠵᠢᠭᠦᠯᠬᠦ ᠠᠵᠤ ᠠᠬᠤᠢᠢᠯᠠᠯ ᠤᠨ ᠬᠠᠷᠢᠭᠤᠴᠠᠯᠭᠠᠲᠠᠨ ᠨᠡᠢᠢᠲᠡ 40 ᠭᠠᠷᠤᠢ ᠬᠥᠮᠦᠨ ᠤᠷᠤᠯᠴᠠᠪᠠ᠃


QQ截图20201118105440.png


• ᠤᠢᠢᠷ᠎ᠠ ᠳᠤ᠂ ᠲᠦᠷᠦ  ᠶᠢᠨ  ᠶᠠᠪᠤᠳᠠᠯ ᠤᠨ  ᠬᠣᠷᠢᠶᠠᠨ ᠤ  ᠠᠯᠪᠠᠨ ᠲᠢᠩᠬᠢᠮ︽ᠲᠠᠷᠢᠶᠠᠨ ᠭᠠᠵᠠᠷ ᠢ︿ᠠᠮᠤ ᠪᠤᠳᠠᠭ᠎ᠠ ᠡᠴᠡ ᠪᠤᠰᠤᠳ ᠵᠦᠢᠯ ᠳᠦ ᠭᠡᠷᠡᠭᠯᠡᠬᠦ﹀ ᠶᠢ ᠰᠡᠷᠭᠡᠶᠢᠯᠡᠨ ᠠᠮᠤ ᠪᠤᠳᠠᠭᠠᠨ ᠤ ᠦᠢᠯᠡᠳᠪᠦᠷᠢᠯᠡᠯ ᠢ ᠲᠣᠭᠲᠠᠪᠤᠷᠢᠵᠢᠭᠤᠯᠬᠤ ᠲᠤᠬᠠᠢ ᠰᠠᠨᠠᠯ︾᠋ ᠢ ᠳᠠᠷᠤᠮᠠᠯᠯᠠᠨ ᠲᠠᠷᠬᠠᠭᠠᠪᠠ᠃

• ᠠᠷᠠᠳ ᠤᠨ ᠳᠡᠭᠡᠳᠤ ᠰᠢᠭᠦᠭᠦ ᠬᠣᠷᠢᠶ᠎ᠠ ᠮᠡᠳᠡᠯᠭᠡ ᠵᠢᠨ ᠪᠦᠲᠦᠭᠡᠭᠳᠡᠭᠦᠨ ᠤ ᠦᠮᠴᠢᠯᠡᠬᠦ ᠡᠷᠬᠡ ᠵᠢᠨ ᠢᠷᠭᠡᠨ ᠤ ᠵᠠᠷᠭᠤ ᠵᠢᠨ ᠭᠡᠷᠡᠴᠢ ᠪᠠᠷᠢᠮᠲᠠ ᠵᠢᠨ ᠲᠤᠬᠠᠢ ᠬᠠᠤᠯᠢ ᠴᠠᠭᠠᠵᠠ ᠵᠢᠨ ᠳᠠᠢᠢᠯᠪᠤᠷᠢᠯᠠᠯᠲᠠ ᠶᠢ ᠨᠡᠢᠢᠲᠡᠯᠡᠪᠡ᠃

• ᠤᠢᠢᠷ᠎ᠠ ᠳᠤ᠂ ᠱᠠᠨᠳᠦᠢᠩ ᠮᠤᠵᠢ ᠵᠢᠨ ᠨᠢᠭᠡᠨ ᠲᠠᠷᠢᠶᠠᠴᠢᠨ ᠤ ᠲᠠᠷᠢᠭᠰᠠᠨ ᠰᠤᠩᠭᠢᠨ᠎ᠠ 2.535 ᠮᠧᠲ᠋ᠷ ᠬᠦᠷᠴᠤ᠂ ᠭᠢᠨᠢᠰ ᠤᠨ ᠲᠡᠮᠳᠡᠭᠯᠡᠯ ᠡᠭᠦᠳᠴᠠᠢ᠃

ᠰᠣᠶᠣᠯ

• ᠤᠢᠢᠷ᠎ᠠ ᠳᠤ᠂ ᠬᠥᠯᠥᠨ ᠪᠤᠢᠢᠷ ᠬᠣᠲᠠ ᠵᠢᠨ ᠲᠠᠪᠤᠳᠤᠭᠠᠷ ᠬᠤᠭᠤᠴᠠᠭᠠᠨ ᠤ ᠬᠡᠦᠬᠡᠳ ᠪᠠᠭᠠᠴᠤᠳ ᠤᠨ ᠮᠤᠳ᠋ᠸ᠋ᠯ ᠤᠨ ᠤᠷᠤᠯᠳᠤᠭᠠᠨ ᠬᠠᠢᠢᠯᠠᠷ ᠲᠤ᠌ ᠶᠠᠪᠤᠭᠳᠠᠵᠤ᠂ ᠬᠠᠢᠢᠯᠠᠷ ᠲᠤᠭᠤᠷᠢᠭ᠂ ᠮᠠᠯᠵᠢᠬᠤ ᠳᠥᠷᠪᠡᠨ ᠬᠤᠰᠢᠭᠤᠨ ᠡᠴᠡ ᠨᠡᠢᠢᠲᠡ 124  ᠬᠡᠦᠬᠡᠳ ᠤᠷᠤᠯᠴᠠᠵᠤ᠂ ᠲᠠᠢᠢᠰᠠᠨ ᠤ ᠤᠷ᠎ᠠ ᠠᠪᠢᠶᠠᠰ ᠵᠢᠡᠨ ᠰᠤᠷᠢᠨ᠂ ᠤᠷᠤᠯᠳᠤᠭᠠᠨ ᠤ ᠡᠴᠦᠰ ᠲᠤ᠌ A ᠳᠤᠭᠤᠢᠢᠯᠠᠩ ᠤᠨ  ᠮᠦᠩᠬᠡᠵᠤᠯᠠ᠂ B ᠳᠤᠭᠤᠢᠢᠯᠠᠩ ᠤᠨ  ᠬᠡᠷᠦᠯᠦᠨ᠂ C ᠳᠤᠭᠤᠢᠢᠯᠠᠩ ᠤᠨ ᠰᠥ ᠰᠢᠨ ᠢ ᠂ D ᠳᠤᠭᠤᠢᠢᠯᠠᠩ ᠤᠨ ᠠᠶ᠎ᠠ ᠨᠠᠷ ᠳᠤᠳᠤᠷᠠᠪᠠ᠃



• ᠨᠢᠭᠡ ᠵᠢᠯ ᠤᠨ ᠬᠤᠭᠤᠴᠠᠭ᠎ᠠ ᠲᠠᠢ ᠪᠠᠯᠡᠳᠭᠡᠯ ᠪᠦᠲᠦᠭᠡᠨ ᠪᠠᠢᠢᠭᠤᠯᠤᠯᠲᠠ ᠪᠠ ᠲᠤᠷᠰᠢᠨ ᠠᠵᠢᠯᠯᠠᠭᠤᠯᠬᠤ  ᠪᠡᠷ ᠳᠠᠮᠵᠢᠨ᠂ ᠠᠪᠠᠭ᠎ᠠ ᠰᠢᠨᠵᠢᠯᠡᠭᠡ ᠮᠡᠷᠭᠡᠵᠢᠯ ᠤᠨ ᠤᠷᠳᠤᠨ 11  ᠰᠠᠷ᠎ᠠ ᠵᠢᠨ 18 ᠤ ᠡᠳᠦᠷ ᠡᠭᠦᠳᠡ ᠪᠡᠨ ᠨᠡᠭᠡᠭᠡᠵᠤ ᠡᠷᠦᠬᠡ ᠪᠡᠨ ᠰᠡᠬᠦᠪᠡ᠃



• ᠤᠢᠢᠷ᠎ᠠ ᠳᠤ᠂ ᠥᠪᠥᠷ ᠮᠤᠩᠭᠤᠯ ᠤᠨ ᠷᠠᠳᠢᠣ᠋ ᠲᠸ᠋ᠯᠸ᠋ᠢᠰ ᠬᠤᠷᠢᠶᠠᠨ ᠤ ᠮᠤᠩᠭᠤᠯ ᠤᠳᠤᠨ ᠲᠸ᠋ᠯᠸ᠋ᠢᠰ ᠤᠨ︽ᠪᠢ ᠮᠡᠳᠡᠨ᠎ᠡ︾ ᠲᠡᠯᠭᠡᠴᠡ ᠵᠢᠨ ᠬᠠᠮᠲᠤ ᠤᠯᠠᠨ ᠪᠠᠶᠠᠨᠨᠠᠭᠤᠷ ᠬᠤᠲᠠ ᠵᠢᠨ ᠤᠷᠠᠳ ᠤᠨ ᠳᠤᠮᠳᠠᠳᠤ ᠬᠤᠰᠢᠭᠤᠨ ᠤ ᠤᠩᠭᠤᠨ ᠪᠠᠯᠭᠠᠰᠤ᠂ ᠪᠠᠶᠠᠠ᠋ᠤᠯᠠᠭᠠᠨ ᠰᠤᠮᠤ᠂ ᠭᠠᠭᠴᠠᠮᠤᠳᠤ ᠪᠠᠯᠭᠠᠰᠤ᠂ ᠬᠠᠯᠢᠭᠤᠲᠤ ᠪᠠᠯᠭᠠᠰᠤ ᠪᠡᠷ ᠶᠠᠪᠤᠵᠤ᠂ 4 ᠬᠤᠭᠤᠴᠠᠭᠠᠨ ᠤ ᠲᠤᠰᠬᠠᠢ ᠨᠡᠪᠲᠡᠷᠡᠭᠦᠯᠭᠡ ᠰᠢᠩᠭᠡᠭᠡᠨ ᠦᠢᠯᠡᠳᠴᠠᠢ᠃ 4 ᠬᠤᠭᠤᠴᠠᠭᠠᠨ ᠤ ᠨᠡᠪᠲᠡᠷᠡᠭᠦᠯᠭᠡ ᠳᠤ ᠨᠡᠢᠢᠲᠡ 100 ᠮᠠᠯᠴᠢᠨ ᠲᠠᠷᠢᠶᠠᠴᠢᠨ ᠪᠢᠯᠢᠭ ᠣᠶᠤᠨ ᠵᠢᠡᠨ ᠰᠣᠷᠢᠨ ᠰᠢᠯᠭᠠᠬᠤ ᠪᠡᠷ ᠢᠳᠡᠪᠬᠢᠯᠡᠨ ᠤᠷᠤᠯᠴᠠᠵᠤ᠂ 12  ᠤᠷᠤᠯᠴᠠᠭᠴᠢ ᠰᠢᠢᠳᠪᠦᠷᠢᠲᠤ ᠲᠡᠮᠡᠴᠡᠭᠡᠨ ᠳᠤ ᠳᠡᠪᠰᠢᠵᠤ᠂ ᠡᠴᠤᠰ ᠲᠤ 2 ᠤᠷᠤᠯᠴᠠᠭᠴᠢ ᠰᠠᠷ᠎ᠠ ᠵᠢᠨ ᠮᠠᠩᠯᠠᠢ ᠪᠡᠷ ᠲᠤᠳᠤᠷᠠᠨ᠂ ᠬᠤᠰᠢᠭᠤ ᠪᠡᠨ ᠲᠦᠯᠦᠭᠡᠯᠡᠨ ᠪᠦᠬᠦ ᠤᠷᠤᠨ ᠤ ᠰᠠᠷ᠎ᠠ ᠵᠢᠨ ᠮᠠᠩᠯᠠᠢ ᠰᠢᠯᠭᠠᠷᠠᠭᠤᠯᠬᠤ ᠤᠷᠤᠯᠳᠤᠭᠠᠨ ᠳᠤ ᠣᠷᠣᠯᠴᠠᠬᠤ ᠪᠡᠷ ᠪᠤᠯᠪᠠ᠃

• 11 ᠰᠠᠷ᠎ᠠ ᠵᠢᠨ 18 ᠤ ᠡᠳᠦᠷ᠂ ᠪᠠᠭᠠᠷᠢᠨ ᠪᠠᠷᠠᠭᠤᠨ ᠬᠤᠰᠢᠭᠤᠨ ᠤ ᠠᠷᠪᠠᠳᠤᠭᠠᠷ ᠬᠤᠭᠤᠴᠠᠭᠠᠨ ᠤ ᠪᠠᠭᠠᠴᠤᠳ ᠤᠨ ᠮᠤᠩᠭᠤᠯ ᠪᠥᠬᠡ ᠵᠢᠨ ᠡᠭᠡᠯᠵᠢᠲᠤ ᠤᠷᠤᠯᠳᠤᠭᠠᠨ᠂ ᠳᠤᠯᠤᠳᠤᠭᠠᠷ ᠬᠤᠭᠤᠴᠠᠭᠠᠨ ᠤ ᠳᠤᠮᠳᠠᠳᠤ ᠪᠠᠭ᠎ᠠ ᠰᠤᠷᠭᠠᠭᠤᠯᠢ ᠵᠢᠨ ᠰᠤᠷᠤᠭᠴᠢᠳ ᠤᠨ ᠮᠤᠩᠭᠤᠯ ᠰᠢᠲᠠᠷ᠎ᠠ ᠵᠢᠨ ᠤᠷᠤᠯᠳᠤᠭᠠᠨ ᠪᠠ ᠪᠠᠭ᠎ᠠ ᠰᠤᠷᠭᠠᠭᠤᠯᠢ ᠵᠢᠨ ᠰᠤᠷᠤᠭᠴᠢᠳ ᠤᠨ ᠰᠤᠷ ᠬᠠᠷᠪᠤᠯᠲᠠ ᠵᠢᠨ ᠤᠷᠤᠯᠳᠤᠭᠠᠨ ᠪᠠᠭᠠᠷᠢᠨ ᠪᠠᠷᠠᠭᠤᠨ ᠬᠤᠰᠢᠭᠤᠨ ᠤ ᠬᠥᠯ ᠪᠦᠮᠪᠦᠭᠡᠨ ᠤ ᠤᠷᠳᠤᠨ ᠳᠤ ᠠᠮᠵᠢᠯᠲᠠ ᠲᠠᠢ ᠶᠠᠪᠤᠭᠳᠠᠪᠠ᠃

• 11 ᠰᠠᠷ᠎ᠠ ᠵᠢᠨ 17 ᠤ ᠡᠳᠦᠷ ᠤᠨ ᠦᠳᠡ ᠵᠢᠨ ᠬᠤᠢᠢᠨ᠎ᠠ᠂  ᠥᠪᠥᠷ ᠮᠤᠩᠭᠤᠯ ᠤᠨ ᠶᠡᠬᠡ ᠰᠤᠷᠭᠠᠭᠤᠯᠢ ᠵᠢᠨ ᠥᠪᠥᠷ ᠮᠤᠩᠭᠤᠯ ᠤᠨ ᠥᠪᠡᠷᠲᠡᠭᠡᠨ ᠵᠠᠰᠠᠬᠤ ᠤᠷᠤᠨ ᠤ ᠵᠡᠭᠦᠨ ᠬᠤᠢᠢᠲᠤ ᠠᠽᠢᠶ᠎ᠡ ᠵᠢᠨ ᠬᠡᠯᠡᠨ ᠦ᠌ ᠡᠬᠢ ᠪᠠᠶᠠᠯᠢᠭ ᠤᠨ ᠲᠦᠪ ᠡᠴᠡ ᠡᠷᠬᠢᠯᠡᠨ ᠶᠠᠪᠤᠭᠳᠠᠭᠤᠯᠤᠭᠰᠠᠨ ᠵᠡᠭᠦᠨ ᠬᠤᠢᠢᠲᠤ ᠠᠽᠢᠶ᠎ᠡ ᠵᠢᠨ ᠬᠡᠯᠡᠨ ᠤ ᠡᠬᠢ ᠪᠠᠶᠠᠯᠢᠭ ᠤᠨ ᠲᠤᠭᠠᠵᠢᠭᠤᠯᠤᠯᠲᠠ ᠵᠢᠨ ᠮᠡᠨᠳᠠᠯ ᠤᠨ ᠡᠬᠢ ᠪᠠᠶᠠᠯᠢᠭ ᠤᠨ ᠦᠢᠯᠡᠴᠢᠯᠡᠭᠡ ᠵᠢᠨ ᠲᠦᠰᠦᠯ ᠳᠤ ᠬᠠᠮᠲᠤᠷᠠᠨ ᠠᠵᠢᠯᠯᠠᠬᠤ ᠭᠡᠷ᠎ᠡ ᠲᠤᠭᠲᠠᠬᠤ ᠶᠣᠰᠣᠯᠠᠯ ᠪᠡᠭᠡᠵᠢᠩ ᠳᠤ ᠠᠮᠵᠢᠯᠲᠠ ᠲᠠᠢ ᠶᠠᠪᠤᠭᠳᠠᠪᠠ᠃

• ᠤᠢᠢᠷ᠎ᠠ ᠳᠤ᠂ 2020 ᠤᠨ ᠤ ᠬᠣᠷᠴᠢᠨ ᠪᠠᠷᠠᠭᠤᠨ ᠭᠠᠷᠤᠨ ᠡᠮᠤᠨᠡᠲᠤ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ ᠵᠠᠰᠠᠭᠲᠤ ᠠᠷᠠᠳ ᠤᠨ ᠳᠠᠭᠤᠤ ᠵᠢᠨ ᠠᠵᠢᠯ ᠤᠨ ᠴᠢᠯᠦᠭᠡᠨ ᠤ ᠳᠠᠭᠤᠴᠢᠳ ᠤᠨ ᠱᠠᠩᠨᠠᠯᠲᠤ ᠤᠷᠤᠯᠳᠤᠭᠠᠨ ᠠᠮᠵᠢᠯᠲᠠ ᠲᠠᠢ ᠶᠠᠪᠤᠭᠳᠠᠵᠤ᠂ ᠲᠦᠩᠯᠢᠶᠤᠤ ᠬᠤᠲᠠ᠂ ᠡᠷᠢᠶᠡᠨᠬᠤᠲᠠ᠂ ᠬᠢᠩᠭᠠᠨ ᠠᠢᠢᠮᠠᠭ ᠤᠨ ᠡᠯ᠎ᠡ ᠬᠤᠰᠢᠭᠤ ᠬᠤᠲᠠ ᠵᠢᠨ 130 ᠭᠠᠷᠤᠢ ᠠᠵᠢᠯ ᠤᠨ ᠴᠢᠯᠦᠭᠡᠨ ᠤ ᠳᠠᠭᠤᠴᠢᠨ ᠤᠷᠤᠯᠴᠠᠪᠠ᠃



•  ᠰᠥᠨᠢᠳ ᠪᠠᠷᠠᠭᠤᠨ ᠬᠤᠰᠢᠭᠤᠨ ᠤ ᠡᠪᠦᠯ ᠤᠨ ᠤᠯᠠᠷᠢᠯ ᠤᠨ ᠠᠩᠬᠠᠳᠤᠭᠠᠷ ᠤᠳᠠᠭᠠᠨ ᠤ ᠦᠨᠳᠦᠰᠦᠲᠡᠨ ᠤ ᠲᠠᠸ᠋ᠠᠷ ᠤᠨ ᠦᠵᠡᠰᠭᠦᠯᠡᠩ ᠬᠤᠳᠠᠯᠳᠤᠭ᠎ᠠ 11 ᠰᠠᠷ᠎ᠠ ᠵᠢᠨ 14 ᠤ ᠡᠳᠦᠷ ᠡᠴᠡ 19 ᠤ ᠡᠳᠦᠷ ᠪᠤᠯᠲᠠᠯ᠎ᠠ ᠶᠠᠪᠤᠳᠠᠭᠳᠠᠪᠠ᠃

• 11 ᠰᠠᠷ᠎ᠠ ᠵᠢᠨ 17 ᠤ ᠡᠳᠦᠷ ᠡᠴᠡ 19 ᠤ ᠡᠳᠦᠷ ᠪᠤᠯᠲᠠᠯ᠎ᠠ᠂ ᠡᠸ᠋ᠡᠩᠭᠢ ᠬᠤᠰᠢᠭᠤᠨ ᠤ 2020 ᠤᠨ ᠤ ᠰᠤᠶᠤᠯ ᠤᠨ  ᠪᠦᠲᠦᠭᠡᠯᠴᠢ ᠪᠦᠲᠦᠬᠡᠭᠳᠡᠭᠦᠨ ᠤ ᠦᠵᠡᠰᠬᠦᠯᠡᠩ ᠵᠢᠴᠢ ᠦᠢᠯᠡᠰ ᠪᠤᠰᠬᠠᠬᠤ ᠲᠦᠷᠦᠯ ᠵᠦᠢᠯ ᠤᠨ ᠠᠵᠢᠯᠯᠠᠭ᠎ᠠ ᠰᠸ᠋ᠴᠤᠸ᠋ᠠᠨ ᠮᠤᠵᠢ ᠵᠢᠨ ᠴᠸ᠋ᠩᠳᠦ᠋ ᠬᠤᠲᠠ ᠳᠤ ᠪᠤᠯᠵᠤ  ᠦᠩᠭᠡᠷᠡᠪᠡ᠃



• ᠤᠢᠢᠷ᠎ᠠ ᠳᠤ᠂ ᠳᠤᠮᠳᠠᠳᠤ ᠤᠯᠤᠰ ᠤᠨ ᠮᠠᠰᠢᠨ ᠲᠡᠷᠭᠡᠨ ᠤ ᠠᠵᠤ ᠦᠢᠯᠡᠳᠪᠦᠷᠢ ᠵᠢᠨ ᠬᠠᠮᠤᠭ ᠤᠨ ᠳᠡᠭᠡᠳᠤ ᠳᠡᠰ ᠤᠨ ᠱᠠᠩᠨᠠᠯ ᠪᠣᠯᠬᠤ ︱ 2020 ᠤᠨ ᠤ ᠳᠤᠮᠳᠠᠳᠤ ᠤᠯᠤᠰ ᠤᠨ ᠮᠠᠰᠢᠨ ᠲᠡᠷᠭᠡᠨ ᠤ ᠠᠵᠤ ᠠᠬᠤᠢᠢᠯᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠱᠠᠩᠨᠠᠯ ᠤᠨ ᠱᠠᠩᠨᠠᠯ ᠤᠯᠭᠤᠬᠤ ᠶᠣᠰᠣᠯᠠᠯ ᠱᠠᠩᠬᠠᠢ ᠬᠤᠲᠠ ᠳᠤ  ᠶᠠᠪᠤᠭᠳᠠᠵᠤ᠂  ᠥᠪᠥᠷ ᠮᠤᠩᠭᠤᠯ ᠤᠨ ᠤᠮᠠᠷᠠᠲᠤ ᠵᠢᠨ ᠬᠦᠨᠳᠤ ᠮᠠᠰᠢᠨ ᠤ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠵᠢᠨ ᠮᠡᠳᠡᠭᠦᠯᠦᠭᠰᠡᠨ︽ᠵᠠᠮ ᠲᠡᠷᠭᠡ ᠵᠢᠨ ᠤᠶᠤᠨᠴᠢ ᠠᠭᠤᠰᠤᠯᠴᠠᠨ ᠮᠡᠳᠡᠷᠡᠭᠳᠡᠬᠦ ᠪᠠ ᠵᠣᠬᠢᠴᠠᠭᠤᠯᠤᠨ ᠡᠵᠡᠮᠳᠡᠬᠦ ᠵᠠᠩᠭᠢᠯᠠᠭ᠎ᠠ ᠵᠢᠨ ᠮᠡᠷᠭᠡᠵᠢᠯ ᠵᠢᠴᠢ ᠬᠡᠷᠡᠭᠯᠡᠭᠡ︾ᠬᠡᠮᠡᠬᠦ ᠲᠦᠷᠦᠯ ᠵᠦᠢᠯ ᠮᠡᠷᠭᠡᠵᠢᠯ ᠤᠨ ᠡᠭᠦᠳᠦᠯᠲᠡ ᠵᠢᠨ ᠨᠢᠭᠡᠳᠦᠭᠡᠷ ᠳᠡᠰ ᠤᠨ ᠱᠠᠩᠨᠠᠯ ᠬᠦᠷᠲᠡᠪᠡ᠃


QQ截图20201119104018.png


ᠦᠢᠯᠡᠴᠢᠯᠡᠭᠡ

• ᠴᠠᠭ ᠠᠭᠤᠷ ᠤᠨ ᠲᠣᠪᠴᠢᠶᠠᠨ ᠤ ᠤᠷᠢᠳᠴᠢᠯᠠᠨ ᠮᠡᠳᠡᠭᠡᠯᠡᠭᠰᠡᠨ ᠵᠢᠡᠷ᠂ ᠥᠨᠥᠳᠥᠷ ᠮᠠᠨ ᠤ ᠤᠷᠤᠨ ᠤ ᠪᠠᠷᠠᠭᠤᠨ ᠪᠡᠶ᠎ᠡ᠂ ᠳᠤᠮᠳᠠ ᠪᠡᠶ᠎ᠡ ᠵᠢᠨ ᠵᠡᠭᠦᠨ ᠬᠡᠰᠡᠭ ᠪᠠ ᠵᠡᠭᠦᠨ ᠪᠡᠶ᠎ᠡ ᠪᠡᠷ ᠡᠭᠦᠯᠡᠷᠬᠡᠭ᠃  ᠡᠭᠦᠨ ᠳᠤ᠂ ᠠᠯᠠᠱᠠ ᠵᠢᠨ ᠳᠤᠮᠳᠠ ᠪᠡᠶ᠎ᠡ ᠪᠠ ᠵᠡᠭᠦᠨ ᠪᠡᠶ᠎ᠡ᠂  ᠦᠬᠠᠢ᠂ ᠪᠠᠶᠠᠨᠨᠠᠭᠤᠷ ᠤᠨ ᠪᠠᠷᠠᠭᠤᠨ ᠪᠡᠶ᠎ᠡ᠂ ᠤᠷᠳᠤᠰ ᠤᠨ ᠡᠮᠤᠨ᠎ᠡ ᠪᠡᠶ᠎ᠡ ᠪᠠ ᠪᠠᠷᠠᠭᠤᠨ ᠪᠡᠶ᠎ᠡ᠂ ᠰᠢᠯᠢ ᠵᠢᠨ ᠭᠤᠤᠯ ᠤᠨ ᠵᠡᠭᠦᠨ ᠬᠤᠢᠢᠲᠤ ᠪᠡᠶ᠎ᠡ ᠪᠠ ᠬᠤᠢᠢᠲᠤ  ᠪᠡᠶ᠎ᠡ᠂ ᠲᠦᠩᠯᠢᠶᠤᠤ ᠵᠢᠨ ᠵᠡᠭᠦᠨ ᠡᠮᠤᠨ᠎ᠡ ᠪᠡᠶ᠎ᠡ᠂ ᠬᠢᠩᠭᠠᠨ ᠤ ᠪᠠᠷᠠᠭᠤᠨ ᠬᠤᠢᠢᠲᠤ ᠪᠡᠶ᠎ᠡ᠂ ᠬᠦᠯᠦᠨ ᠪᠤᠢᠢᠷ ᠤᠨ ᠪᠠᠷᠠᠭᠤᠨ ᠪᠡᠶ᠎ᠡ ᠪᠠ ᠳᠤᠮᠳᠠ ᠪᠡᠶ᠎ᠡ ᠪᠡᠷ ᠴᠠᠰᠤ ᠪᠣᠷᠣᠭᠠᠨ ᠬᠤᠯᠢᠯᠳᠤᠨ ᠣᠷᠣᠬᠤ ᠪᠤᠶᠤ ᠪᠠᠭ᠎ᠠ ᠴᠠᠰᠤ ᠲᠠᠢ ᠪᠠᠢᠢᠵᠤ᠂ ᠪᠤᠰᠤᠳ ᠭᠠᠵᠠᠷ ᠲᠤᠩᠭᠠᠯᠠᠭ ᠡᠴᠡ ᠡᠭᠦᠯᠡᠰᠢᠨ᠎ᠡ᠃ ᠮᠠᠨ ᠤ ᠤᠷᠤᠨ ᠤ ᠳᠤᠮᠳᠠ ᠪᠡᠶ᠎ᠡ ᠵᠢᠨ ᠵᠡᠭᠦᠨ ᠬᠡᠰᠡᠭ ᠪᠠ ᠵᠡᠭᠦᠨ ᠪᠡᠶ᠎ᠡ ᠵᠢᠨ ᠡᠮᠤᠨ᠎ᠡ ᠬᠡᠰᠡᠭ ᠭᠠᠵᠠᠷ ᠤᠷᠤᠨ ᠤ ᠠᠭᠠᠷ ᠤᠨ ᠳᠤᠯᠠᠭᠠᠨ ᠦᠷᠭᠦᠯᠵᠢᠯᠡᠨ ᠳᠤᠷᠤᠭᠰᠢᠯᠠᠨ᠎ᠠ᠃

ᠦᠨᠦᠳᠦᠷ ᠤᠨ ᠨᠡᠪᠲᠡᠷᠡᠭᠦᠯᠭᠡ ᠪᠡᠷ ᠪᠢᠳᠡ ᠭᠡᠷᠡᠯ ᠵᠢᠷᠤᠭ ᠤᠨ ᠪᠠᠬᠠᠲᠠᠨ ᠤᠷᠭᠤᠭ᠎ᠠ ᠵᠢᠨ ᠭᠡᠷᠡᠯ ᠵᠢᠷᠤᠭ ᠤᠨ ᠪᠦᠲᠦᠭᠡᠯ ᠡᠴᠡ ᠰᠤᠨᠢᠷᠬᠠᠶ᠎ᠠ᠃



ᠦᠨᠦᠳᠦᠷ ᠤᠨ ᠨᠡᠪᠳᠡᠷᠡᠭᠦᠯᠭᠡ ᠮᠠᠨᠢ ᠡᠢᠢᠨᠬᠦ ᠦᠨᠳᠦᠷᠯᠡᠵᠦ ᠪᠠᠢᠢᠨ᠎ᠠ᠃ ᠮᠡᠳᠡᠭᠡ ᠵᠢ ᠮᠢᠨᠢ ᠬᠦᠯᠢᠶᠠᠨ ᠰᠤᠨᠤᠰᠴᠤ᠂ ᠤᠷᠮ᠎ᠠ ᠬᠠᠢᠢᠷᠠᠯᠠᠭᠰᠠᠨ ᠲᠠ ᠪᠦᠬᠦᠨ ᠳᠡᠭᠡᠨ ᠠᠵᠠ ᠵᠢᠷᠭᠠᠯ ᠬᠦᠰᠡᠡ ︽ᠬᠡᠷᠦᠯᠦᠨ ᠭᠤᠤᠯ ᠤᠨ ᠪᠦᠰᠡᠭᠦᠢ︾ᠳᠠᠭᠤᠤ ᠪᠠᠷ ᠠᠶ᠎ᠠ ᠪᠠᠷᠢᠵᠦ ᠨᠡᠪᠲᠡᠷᠡᠬᠦᠯᠭᠡ ᠪᠠᠨ ᠵᠢᠷᠭᠠᠭᠠᠶ᠎ᠠ︕ ᠪᠠᠶᠠᠷᠲᠠᠢ︕

 

ᠨᠠᠢᠢᠷᠠᠭᠤᠯᠤᠨ ᠨᠡᠪᠳᠡᠷᠡᠭᠦᠯᠦᠭᠴᠢ᠄ ᠨᠠᠮᠤᠭ  

ᠮᠡᠷᠭᠡᠵᠢᠯ᠄ ᠨᠠᠮᠤᠭ

ᠬᠢᠨᠠᠨ ᠦᠢᠯᠡᠳᠦᠭᠴᠢ᠄ ᠪᠤᠶᠠᠨᠲᠤ

ᠶᠡᠷᠦᠩᠬᠡᠢ ᠬᠢᠨᠠᠨ ᠦᠢᠯᠡᠳᠦᠭᠴᠢ᠄ ᠵᠢᠨ ᠱᠠᠨ 


 
   
   
2008-2018 ©                                0471-6659832   tn@mgyxw.net   蒙ICP备10000005号